ᠠᠤᠬᠠᠨ ᠬᠤᠰᠢᠭᠤᠨ ᠤ ᠰᠢᠨᠵᠢᠯᠡᠬᠦ ᠤᠬᠠᠭᠠᠨ ᠮᠡᠷᠬᠡᠵᠢᠯ ᠢ ᠲᠦᠭᠡᠮᠡᠯᠵᠢᠭᠦᠯᠬᠦ ᠬᠥᠮᠦᠵᠢᠯ  ᠤᠨ ᠰᠠᠭᠤᠷᠢᠨ ᠭᠠᠵᠠᠷ ᠤᠨ ᠬᠤᠯᠪᠣᠭ᠎ᠠ ᠵᠢᠩᠬᠢᠨᠢ ᠪᠠᠷ ᠪᠠᠶᠢᠭᠤᠯᠤᠭᠳᠠᠪᠠ

ᠨᠡᠶᠢᠲᠡᠯᠡᠭᠰᠡᠨ ᠴᠠᠭ᠄ 2024-11-25 16:23:33

ᠲᠤᠰ ᠰᠣᠨᠢᠨ ᠤ᠋ ᠮᠡᠳᠡᠭᠡ ᠣᠶᠢᠷ᠎ᠠ ᠳ᠋ᠤ᠂ ᠠᠤᠬᠠᠨ ᠬᠤᠰᠢᠭᠤᠨ ᠤ᠋ ᠰᠢᠨᠵᠢᠯᠡᠬᠦ ᠤᠬᠠᠭᠠᠨ ᠮᠡᠷᠬᠡᠵᠢᠯ ᠢ ᠲᠦᠭᠡᠮᠡᠯᠵᠢᠭᠦᠯᠬᠦ ᠬᠥᠮᠦᠵᠢᠯ ᠦ᠋ᠨ ᠰᠠᠭᠤᠷᠢᠨ ᠭᠠᠵᠠᠷ ᠤ᠋ᠨ ᠬᠣᠯᠪᠣᠭ᠎ᠠ ᠵᠢᠩᠬᠢᠨᠢ ᠪᠡᠷ ᠪᠠᠶᠢᠭᠤᠯᠤᠭᠳᠠᠵᠦ᠂ ᠡᠨᠡ ᠨᠢ ᠪᠠᠰᠠ ᠴᠤ ᠮᠠᠨ ᠤ᠋ ᠬᠣᠲᠠ ᠵᠢᠨ ᠠᠩᠬᠠᠳᠠᠭᠴᠢ ᠰᠢᠨᠵᠢᠯᠡᠬᠦ ᠤᠬᠠᠭᠠᠨ ᠮᠡᠷᠬᠡᠵᠢᠯ ᠢ ᠲᠦᠭᠡᠮᠡᠯᠵᠢᠭᠦᠯᠬᠦ ᠬᠥᠮᠦᠵᠢᠯ ᠦ᠋ᠨ ᠰᠠᠭᠤᠷᠢᠨ ᠭᠠᠵᠠᠷ ᠤ᠋ᠨ ᠬᠣᠯᠪᠣᠭ᠎ᠠ ᠪᠣᠯᠤᠨ᠎ᠠ ᠃

ᠰᠢᠨᠵᠢᠯᠡᠬᠦ ᠤᠬᠠᠭᠠᠨ ᠮᠡᠷᠬᠡᠵᠢᠯ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠤᠨ ᠬᠤᠯᠪᠣᠭ᠎ᠠ ᠵᠢᠨ ᠪᠠᠶᠢᠭᠤᠯᠤᠭᠳᠠᠠᠠᠰᠡᠨ ᠨᠢ ᠰᠢᠨᠵᠢᠯᠡᠬᠦ ᠤᠬᠠᠭᠠᠨ ᠮᠡᠷᠬᠡᠵᠢᠯ ᠢ ᠲᠦᠭᠡᠮᠡᠯᠵᠢᠭᠦᠯᠬᠦ ᠡᠬᠢ ᠪᠠᠶᠠᠯᠢᠭ ᠢ ᠨᠠᠩ ᠰᠠᠶᠢᠲᠤᠷ ᠡᠮᠬᠢᠯᠡᠨ ᠨᠡᠶᠢᠯᠡᠭᠦᠯᠵᠦ᠂ ᠰᠢᠨᠵᠢᠯᠡᠬᠦ ᠤᠬᠠᠭᠠᠨ ᠮᠡᠷᠬᠡᠵᠢᠯ ᠢ ᠲᠦᠭᠡᠮᠡᠯᠵᠢᠭᠦᠯᠬᠦ ᠬᠥᠮᠦᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠢᠢ ᠳᠡᠭᠡᠭ᠍ᠰᠢᠯᠡᠭᠦᠯᠬᠦ ᠢᠢᠨ ᠲᠥᠯᠥᠭᠡ ᠶᠤᠮ᠃

ᠰᠢᠨ᠎ᠡ ᠢᠢ ᠡᠭᠦᠳᠬᠦ ᠬᠥᠭ᠍ᠵᠢᠯᠲᠡ ᠢᠢ ᠪᠡᠶᠡᠯᠡᠭᠦᠯᠬᠦ ᠢᠢᠨ ᠴᠢᠬᠤᠯᠠ ᠰᠠᠭᠤᠷᠢ ᠴᠢᠨᠠᠷ ᠲᠠᠶ ᠠᠵᠢᠯ ᠪᠣᠯᠤᠭᠰᠠᠨ ᠤ ᠬᠤᠪᠢ ᠳᠤ᠂ ᠠᠤᠬᠠᠨ ᠬᠤᠰᠢᠭᠤᠨ ᠤ ᠰᠢᠨᠵᠢᠯᠡᠬᠦ ᠤᠬᠠᠭᠠᠨ ᠮᠡᠷᠬᠡᠵᠢᠯ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠤᠨ ᠬᠤᠯᠪᠣᠭᠠᠨ ᠤ ᠡᠯ᠎ᠡ ᠪᠦᠷᠢᠯᠳᠦᠬᠦᠨ ᠨᠢᠭᠡᠴᠢ ᠨᠦᠭᠦᠳ ᠬᠤᠭᠤᠷᠣᠨᠳᠣ ᠪᠠᠨ ᠰᠢᠨᠵᠢᠯᠡᠬᠦ ᠤᠬᠠᠭᠠᠨ ᠮᠡᠷᠬᠡᠵᠢᠯ  ᠤᠨ ᠮᠡᠳᠡᠯᠭᠡ ᠢᠢ ᠲᠦᠭᠡᠮᠡᠯᠵᠢᠭᠦᠯᠬᠦ᠂ ᠰᠢᠨᠵᠢᠯᠡᠬᠦ ᠤᠬᠠᠭᠠᠨ ᠮᠡᠷᠬᠡᠵᠢᠯ  ᠤᠨ ᠵᠣᠷᠢᠭ ᠰᠠᠨᠠᠭ᠎ᠠ ᠢᠢ ᠪᠠᠳᠠᠷᠠᠭᠤᠯᠬᠤ᠂ ᠰᠢᠨᠵᠢᠯᠡᠬᠦ ᠤᠬᠠᠭᠠᠨ ᠮᠡᠷᠬᠡᠵᠢᠯ  ᠤᠨ ᠦᠵᠡᠯ ᠰᠠᠨᠠᠭ᠎ᠠ ᠢᠢ ᠤᠯᠠᠮᠵᠢᠯᠠᠬᠤ ᠵᠡᠷᠭᠡ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠪᠠ ᠨᠥᠯᠥᠭᠡᠯᠡᠬᠦ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠦ᠂ ᠰᠢᠨᠵᠢᠯᠡᠬᠦ ᠤᠬᠠᠭᠠᠨ ᠮᠡᠷᠬᠡᠵᠢᠯ  ᠢ ᠲᠦᠭᠡᠮᠡᠯᠵᠢᠭᠦᠯᠬᠦ ᠬᠥᠮᠦᠵᠢᠯ ᠤᠨ ᠬᠡᠯᠪᠡᠷᠢ ᠪᠠ ᠰᠡᠳᠭᠢᠮᠵᠢ ᠢᠢᠨ ᠰᠢᠨ᠎ᠡ ᠢᠢ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ᠂ ᠡᠷᠳᠡᠮ ᠰᠢᠨᠵᠢᠯᠡᠭᠡᠨ ᠤ ᠡᠬᠢ ᠪᠠᠶᠠᠯᠢᠭ ᠵᠡᠷᠭᠡ ᠢᠢ ᠰᠢᠨᠵᠢᠯᠡᠬᠦ ᠤᠬᠠᠭᠠᠨ ᠮᠡᠷᠬᠡᠵᠢᠯ  ᠢ ᠲᠦᠭᠡᠮᠡᠯᠵᠢᠭᠦᠯᠬᠦ ᠡᠬᠢ ᠪᠠᠶᠠᠯᠢᠭ ᠪᠣᠯᠭᠠᠨ ᠬᠤᠪᠢᠷᠠᠭᠤᠯᠬᠤ ᠢᠢ ᠢᠳᠡᠪᠬᠢᠲᠡᠶ ᠳᠥᠯᠭᠢᠨ ᠠᠬᠢᠭᠤᠯᠵᠦ᠂ ᠰᠢᠨᠵᠢᠯᠡᠬᠦ ᠤᠬᠠᠭᠠᠨ ᠮᠡᠷᠬᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠵᠢᠨ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠬᠡᠵᠢᠯ ᠢ ᠲᠦᠭᠡᠮᠡᠯᠵᠢᠭᠦᠯᠬᠦ ᠬᠥᠮᠦᠵᠢᠯ ᠤᠨ ᠥᠪᠡᠷᠮᠢᠴᠡ ᠣᠨᠴᠠᠯᠢᠭ ᠲᠠᠢ ᠲᠥᠷᠥᠯ ᠲᠡᠮᠳᠡᠭ᠍  ᠢ ᠡᠬᠦᠳᠴᠦ᠂ ᠴᠡᠭ ᠢᠶᠠᠷ ᠳᠠᠶᠢᠴᠢᠯᠠᠬᠤ᠂ ᠬᠤᠯᠪᠣᠭ᠎ᠠ ᠵᠢ ᠤᠷᠲᠤᠳᠬᠠᠬᠤ᠂ ᠬᠡᠪᠴᠢᠶ᠎ᠡ ᠢᠢ ᠥᠷᠭᠡᠳᠭᠡᠨ ᠬᠤᠯᠪᠣᠭᠠᠯᠠᠨ ᠬᠥᠳᠡᠯᠦᠯᠴᠡᠬᠦ ᠢᠢ ᠨᠠᠩ ᠰᠠᠶᠢᠲᠤᠷ ᠪᠡᠶᠡᠯᠡᠭᠦᠯᠵᠦ᠂ ᠰᠢᠨᠵᠢᠯᠡᠬᠦ ᠤᠬᠠᠭᠠᠨ ᠮᠡᠷᠬᠡᠵᠢᠯ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠤᠨ ᠬᠤᠯᠪᠣᠭᠠᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠥᠷᠭᠡᠳᠭᠡᠬᠦ ᠢᠢᠨ ᠬᠠᠮᠲᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠪᠥᠬᠦ ᠲᠠᠯ᠎ᠠ ᠪᠠᠷ ᠰᠣᠯᠢᠯᠴᠠᠬᠤ᠂ ᠬᠠᠮᠵᠢᠯᠴᠠᠨ ᠬᠥᠭ᠍ᠵᠢᠬᠦ ᠢᠢ ᠠᠬᠢᠭᠤᠯᠬᠤ ᠪᠤᠯᠤᠨ᠎ᠠ᠃

ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠪᠠᠶᠢᠭᠤᠯᠤᠭᠳᠠᠭᠰᠠᠨ ᠤ ᠳᠠᠷᠠᠭ᠎ᠠ᠂ ᠠᠤᠬᠠᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠵᠢᠯᠯᠠᠭ᠎ᠠ ᠢᠢᠨ ᠠᠷᠭ᠎ᠠ ᠬᠡᠯᠪᠡᠷᠢ ᠪᠠᠨ ᠤᠯᠠᠮ ᠨᠢᠭᠡ ᠠᠯᠬᠤᠮ ᠰᠢᠨᠡᠴᠢᠯᠡᠵᠦ᠂ ᠠᠴᠢᠶᠠᠯᠠᠪᠤᠷᠢ ᠢᠢᠨ ᠠᠭᠤᠯᠭ᠎ᠠ ᠪᠠᠨ ᠪᠠᠶᠠᠯᠢᠭᠵᠢᠭᠤᠯᠤᠨ᠂ ᠠᠵᠢᠯᠯᠠᠭ᠎ᠠ ᠢᠢᠨ ᠪᠣᠳᠠᠲᠤ ᠦᠷ᠎ᠡ ᠪᠦᠲᠦᠮᠵᠢ ᠵᠢ ᠳᠣᠪᠤᠶᠢᠯᠭᠠᠨ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ  ᠢ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠰᠤᠷᠭᠠᠭᠤᠯᠢ ᠂ ᠠᠵᠤ ᠠᠬᠤᠶᠢᠯᠠᠯ᠂ ᠬᠡᠷ ᠪᠦᠯᠢ ᠳᠤ ᠣᠷᠣᠭᠤᠯᠬᠤ ᠢᠢ ᠬᠦᠴᠦᠯᠡᠨ ᠠᠬᠢᠭᠤᠯᠵᠤ᠂ ᠬᠥᠮᠦᠨ ᠪᠦᠬᠦᠨ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭ᠍ᠯᠡᠬᠦ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠵᠤ᠂ᠪᠥᠬᠦ ᠠᠷᠠᠳ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠬᠡᠪ ᠴᠢᠨᠠᠷ ᠢ ᠳᠡᠭᠡᠭ᠍ᠰᠢᠯᠡᠭᠦᠯᠦᠨ᠂ ᠡᠶ᠎ᠡ ᠵᠣᠬᠢᠴᠠᠯ ᠲᠠᠢ ᠠᠤᠬᠠᠨ ᠤ ᠪᠥᠲᠥᠭᠡᠨ ᠪᠠᠶᠢᠭᠤᠯᠤᠯᠲᠠ  ᠢᠢ ᠦᠷᠭᠦᠯᠵᠢᠯᠡᠨ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭ᠍ᠵᠢᠯᠲᠡ ᠳᠤ ᠬᠦᠴᠦᠨ ᠨᠡᠮᠡᠷᠢᠯᠡᠬᠦ ᠪᠤᠯᠤᠨ᠎ᠠ᠃ ︵ᠮᠧᠩ ᠵᠢᠩ ᠬᠠᠩ︶