ᠰᠦᠨ ᠬᠠᠢ ᠲᠤᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠪᠥᠬᠥ ᠬᠣᠲᠠ ᠶ᠋ᠢᠨ ᠶᠡᠷᠦᠩᠬᠡᠶᠢᠯᠡᠨ ᠵᠠᠰᠠᠬᠤ ᠲᠥᠪ ᠦᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠰᠤᠳᠤᠯᠤᠨ ᠠᠬᠢᠭᠤᠯᠪᠠ

ᠨᠡᠶᠢᠲᠡᠯᠡᠭᠰᠡᠨ ᠴᠠᠭ᠄ 2026-08-26 19:22:32

8 ᠰᠠᠷ᠎ᠠ ᠶ᠋ᠢᠨ 26  ᠤ ᠡᠳᠦᠷ ᠂ ᠬᠣᠲᠠ ᠶ᠋ᠢᠨ ᠨᠠᠮ ᠤᠨ ᠬᠣᠷᠢᠶᠠᠨ ᠤ ᠪᠠᠶᠢᠩᠭᠤ ᠶ᠋ᠢᠨ ᠭᠡᠰᠢᠭᠦᠨ ᠂ ᠤᠯᠤᠰ ᠲᠥᠷᠥ ᠬᠠᠤᠯᠢ ᠴᠠᠭᠠᠵᠠ ᠶ᠋ᠢᠨ ᠵᠦᠪᠯᠡᠯ ᠤᠨ ᠱᠦᠵᠢ ᠰᠦᠨ ᠬᠠᠢ ᠲᠤᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠥ ᠬᠣᠲᠠ ᠶ᠋ᠢᠨ ᠶᠡᠷᠦᠩᠬᠡᠶᠢᠯᠡᠨ ᠵᠠᠰᠠᠬᠤ ᠲᠥᠪ ᠦᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠰᠤᠳᠤᠯᠤᠨ ᠠᠬᠢᠭᠤᠯᠪᠠ᠃

ᠬᠤᠷᠠᠯ ᠲᠡᠭᠡᠷ᠎ᠠ᠂ ᠪᠥᠬᠥ ᠬᠣᠲᠠ ᠶ᠋ᠢᠨ ᠶᠡᠷᠦᠩᠬᠡᠶᠢᠯᠡᠨ ᠵᠠᠰᠠᠬᠤ ᠲᠥᠪ ᠦᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠤᠨ ᠠᠬᠢᠴᠠ ᠶ᠋ᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶ᠋ᠢ ᠰᠣᠨᠣᠰᠴᠤ᠂ ᠨᠠᠮ ᠤᠨ ᠬᠣᠷᠢᠶᠠᠨ ᠤ ᠤᠳᠤᠷᠢᠳᠤᠯᠭ᠎ᠠ ᠲᠣᠰ ᠲᠣᠰ ᠠᠵᠢᠯ ᠤᠨ ᠰᠠᠨᠠᠭᠤᠯᠭ᠎ᠠ ᠳᠤᠷᠠᠳᠪᠠ᠃

ᠬᠤᠷᠠᠯ ᠠᠴᠠ᠂ ᠣᠶᠢᠷ᠎ᠠ ᠶ᠋ᠢᠨ ᠵᠢᠯ ᠳᠦ ᠂ ᠪᠥᠬᠥ ᠬᠣᠲᠠ ᠶ᠋ᠢᠨ ᠡᠯ᠎ᠡ ᠱᠠᠲᠤᠨ ᠤ ᠶᠡᠷᠦᠩᠬᠡᠶᠢᠯᠡᠨ ᠵᠠᠰᠠᠬᠤ ᠲᠥᠪ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠡᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ᠂ ᠴᠢᠭᠯᠡᠭᠦᠯᠦᠯᠲᠦ ᠴᠢᠨᠠᠷᠲᠠᠢ ᠪᠠᠷ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠳᠤᠲᠠᠭᠤᠳᠠᠯ ᠢᠶᠠᠨ ᠨᠥᠬᠥᠪᠦᠷᠢᠯᠡᠨ ᠂ ᠪᠦᠬᠦᠨ  ᠢ︽ᠲᠠᠪᠤ ᠵᠢ ᠪᠦᠷᠢᠯᠳᠦᠬᠦᠯᠬᠦ︾ᠪᠠᠷᠢᠮᠵᠢᠶ᠎ᠠ ᠳᠤ ᠬᠦᠷᠭᠡᠵᠦ᠂ ᠵᠥᠷᠢᠴᠡᠯ ᠵᠢᠭᠤᠷᠠᠯᠳᠤᠭᠠᠨ ᠤ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠪᠠ ᠭᠡᠵᠤ ᠵᠢᠭᠠᠵᠤ ᠭᠠᠷᠭᠠᠵᠠᠢ᠃

ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠬᠦ ᠬᠡᠷᠡᠭᠲᠡᠢ᠃ ᠨᠠᠮ ᠤᠨ ᠲᠥᠪ ᠬᠣᠷᠢᠶᠠᠨ ᠤ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠶᠡᠷᠦᠩᠬᠡᠢ ᠱᠦᠵᠢ ᠰᠢ ᠵᠢᠨ ᠫᠢᠩ ᠦᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠣᠶᠢᠯᠠᠭᠠᠵᠤ᠂ ᠪᠠᠶᠢᠯᠳᠤᠬᠤ ᠪᠣᠳᠣᠯᠭ᠎ᠠ ᠪᠣᠯᠣᠨ ᠪᠦᠬᠦ ᠲᠠᠯ᠎ᠠ ᠶ᠋ᠢᠨ ᠥᠨᠳᠥᠷᠴᠡ ᠡᠴᠡ ᠶᠡᠷᠦᠩᠬᠡᠶᠢᠯᠡᠨ ᠵᠠᠰᠠᠬᠤ ᠲᠥᠪ ᠦᠨ ᠵᠢᠷᠤᠮᠵᠢᠭᠰᠠᠨ ᠪᠠᠶᠢᠭᠤᠯᠤᠯᠲᠠ ᠶ᠋ᠢ ᠠᠬᠢᠭᠤᠯᠬᠤ ᠶ᠋ᠢᠨ ᠴᠢᠬᠤᠯᠠ ᠶᠡᠬᠡ ᠠᠴᠢ ᠬᠣᠯᠪᠣᠭᠳᠠᠯ ᠢ ᠭᠦᠢᠴᠡᠳ ᠲᠠᠨᠢᠵᠤ ᠂ ᠶᠡᠷᠦᠩᠬᠡᠶᠢᠯᠡᠨ ᠵᠠᠰᠠᠬᠤ ᠲᠥᠪ ᠦᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶ᠋ᠢ ᠪᠦᠬᠦ ᠬᠦᠴᠦᠨ ᠢᠶᠡᠷ ᠢᠶᠡᠨ ᠠᠬᠢᠭᠤᠯᠬᠤ ᠬᠡᠷᠡᠭᠲᠡᠢ᠃ ᠰᠠᠭᠤᠷᠢ ᠪᠦᠲᠦᠭᠡᠨ ᠪᠠᠶᠢᠭᠤᠯᠤᠯᠲᠠ ᠶ᠋ᠢ ᠴᠢᠩᠭᠠᠳᠬᠠᠬᠤ ᠬᠡᠷᠡᠭᠲᠡᠢ᠃ ᠳᠡᠭᠡᠳᠦ ᠱᠠᠲᠤᠨ ᠤ ᠲᠥᠷᠥ ᠶ᠋ᠢᠨ ᠪᠣᠳᠣᠯᠭ᠎ᠠ ᠂ ᠪᠡᠯᠡ ᠮᠥᠩᠭᠥ᠂ ᠲᠥᠷᠥᠯ ᠵᠦᠢᠯ ᠦᠨ ᠳᠡᠮᠵᠢᠯᠭᠡ ᠶ᠋ᠢ ᠢᠳᠡᠪᠬᠢᠲᠡᠢ ᠣᠯᠬᠤ ᠪᠡᠷ ᠴᠢᠷᠮᠠᠶᠢᠵᠤ ᠂ ᠡᠯ᠎ᠡ ᠱᠠᠲᠤᠨ ᠤ ᠶᠡᠷᠦᠩᠬᠡᠶᠢᠯᠡᠨ ᠵᠠᠰᠠᠬᠤ ᠲᠥᠪ ᠦᠨ ᠰᠠᠭᠤᠷᠢ ᠪᠡᠯᠡᠳᠬᠡᠮᠵᠢ ᠶ᠋ᠢᠨ ᠪᠦᠲᠦᠭᠡᠨ ᠪᠠᠶᠢᠭᠤᠯᠤᠯᠲᠠ ᠶ᠋ᠢ ᠲᠠᠰᠤᠷᠠᠯᠲᠠ ᠦᠭᠡᠢ ᠪᠡᠬᠢᠵᠢᠭᠦᠯᠦᠨ᠂ ᠴᠢᠳᠠᠮᠵᠢᠲᠤ ᠣᠷᠣᠨ ᠪᠦᠰᠡ ᠶ᠋ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠷᠠᠳ ᠣᠯᠠᠨ ᠢ ᠶᠡᠷᠦᠩᠬᠡᠶᠢᠯᠡᠨ ᠵᠠᠰᠠᠬᠤ ᠲᠥᠪ ᠲᠦ ᠢᠯᠡ ᠲᠣᠳᠣ᠂ ᠰᠢᠯᠤᠭᠤᠬᠠᠨ ᠢᠶᠠᠷ ᠠᠵᠢᠯ ᠶᠠᠪᠤᠳᠠᠯ ᠭᠦᠢᠴᠡᠳᠬᠡᠬᠦ ᠪᠣᠯᠭᠠᠨ᠎ᠠ᠃ ᠠᠵᠢᠯ ᠤᠨ ᠲᠣᠭᠲᠠᠴᠠ ᠶ᠋ᠢ ᠲᠡᠭᠦᠯᠳᠡᠷᠵᠢᠭᠦᠯᠬᠦ ᠬᠡᠷᠡᠭᠲᠡᠢ᠃ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠣᠯᠠᠨ ᠲᠦᠮᠡᠨ ᠦ ᠬᠦᠰᠡᠯ ᠱᠠᠭᠠᠷᠳᠠᠯᠭ᠎ᠠ ᠶ᠋ᠢ ᠳᠡᠩᠰᠡᠯᠡᠨ ᠲᠡᠮᠳᠡᠭᠯᠡᠬᠦ᠂ ᠭᠥᠯᠢᠶᠡᠨ ᠠᠪᠴᠤ ᠰᠶᠢᠳᠪᠦᠷᠢᠯᠡᠬᠦ ᠂ ᠰᠢᠯᠵᠢᠭᠦᠯᠦᠨ ᠭᠦᠢᠴᠡᠳᠬᠡᠬᠦ ᠂ ᠭᠦᠢᠴᠡᠳᠬᠡᠬᠦ ᠵᠡᠷᠭᠡ ᠪᠢᠲᠡᠭᠦᠮᠵᠢᠯᠡᠭᠰᠡᠨ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ ᠂ ᠡᠯ᠎ᠡ ᠰᠠᠯᠠᠭ᠎ᠠ ᠮᠥᠴᠢᠷ ᠦᠨ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠦᠨᠡᠨ ᠪᠣᠳᠠᠲᠠᠢ ᠪᠠᠷ ᠰᠶᠢᠳᠪᠦᠷᠢᠯᠡᠬᠦ ᠶ᠋ᠢ ᠰᠢᠮᠳᠠᠭᠤᠯᠤᠨ ᠠᠬᠢᠭᠤᠯᠵᠤ᠂ ᠶᠡᠷᠦᠩᠬᠡᠶᠢᠯᠡᠨ ᠵᠠᠰᠠᠬᠤ ᠲᠥᠪ ᠦᠨ ᠪᠣᠳᠠᠲᠤ ᠪᠠᠶᠢᠯᠳᠤᠭᠠᠨ ᠤ ᠬᠦᠴᠦᠨ ᠴᠢᠳᠠᠪᠤᠷᠢ ᠶ᠋ᠢ ᠦᠨᠡᠨᠬᠦ ᠪᠠᠳᠠᠷᠠᠭᠤᠯᠬᠤ ᠬᠡᠷᠡᠭᠲᠡᠢ᠃ ᠰᠢᠰᠲ᠋ᠧᠮ ᠦᠨ ᠬᠡᠷᠡᠭᠯᠡᠯᠲᠡ ᠶ᠋ᠢ ᠭᠦᠨᠵᠡᠭᠡᠶᠢᠷᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠦᠷᠭᠦᠯᠵᠢᠯᠡᠨ ᠴᠢᠩᠭᠠᠳᠬᠠᠵᠤ ᠂ ᠰᠢᠰᠲ᠋ᠧᠮ ᠦᠨ ᠲᠣᠭ᠎ᠠ ᠪᠠᠷᠢᠮᠲᠠ ᠣᠷᠣᠭᠤᠯᠬᠤ ᠶ᠋ᠢ ᠵᠢᠷᠤᠮᠵᠢᠭᠤᠯᠵᠤ᠂ ᠨᠡᠶᠢᠭᠡᠮ ᠦᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ  ᠰᠠᠨᠠᠭᠠᠴᠢᠯᠠᠭᠠᠲᠤ ᠪᠤᠰᠤ ᠪᠠᠷ ᠠᠷᠭᠠᠴᠠᠵᠤ  ᠪᠠᠶᠢᠭᠰᠠᠨ ᠠᠴᠠ ︽ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠡᠵᠡᠮᠳᠡᠬᠦ︾ᠲᠡᠶᠢᠰᠢ ᠬᠤᠪᠢᠷᠠᠭᠤᠯᠬᠤ ᠶ᠋ᠢ ᠠᠬᠢᠭᠤᠯᠵᠤ ᠂ ︽ᠵᠥᠷᠢᠴᠡᠯ ᠢ ᠲᠤᠰᠢᠶᠠᠬᠤ ᠦᠭᠡᠢ᠂ ᠲᠤᠬᠠᠢ ᠶ᠋ᠢᠨ ᠭᠠᠵᠠᠷ ᠲᠤᠨᠢ ᠰᠠᠶᠢᠲᠤᠷ ᠰᠶᠢᠳᠪᠦᠷᠢᠯᠡᠬᠦ ︾ᠬᠠᠷᠠᠯᠲᠠ ᠶ᠋ᠢ ᠪᠡᠶᠡᠯᠡᠭᠦᠯᠬᠦ ᠳᠦ ᠬᠦᠴᠦᠨ ᠨᠡᠮᠡᠷᠢᠯᠡᠨ᠎ᠡ᠃ ᠠᠭᠤᠷ ᠠᠮᠢᠰᠬᠤᠯ ᠢ ᠪᠤᠢ ᠪᠣᠯᠭᠠᠬᠤ ᠶ᠋ᠢ ᠴᠢᠩᠭᠠᠳᠬᠠᠬᠤ ᠬᠡᠷᠡᠭᠲᠡᠢ᠃ ᠦᠨᠳᠦᠰᠦᠨ ᠱᠠᠲᠤᠨ ᠤ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠭᠦᠨᠵᠡᠭᠡᠢ ᠠᠭᠤᠳᠠᠯᠵᠤ᠂ ᠰᠢᠷᠭᠠᠭᠠᠨ ᠪᠣᠯᠪᠠᠰᠤᠷᠠᠭᠤᠯᠵᠤ ᠂ ᠳᠡᠯᠭᠡᠷᠡᠭᠦᠯᠵᠦ ᠂ ᠣᠯᠠᠨ ᠲᠦᠮᠡᠨ ᠦ ᠶᠡᠷᠦᠩᠬᠡᠶᠢᠯᠡᠨ ᠵᠠᠰᠠᠬᠤ ᠲᠥᠪ ᠢ ᠣᠶᠢᠯᠠᠭᠠᠬᠤ ᠨᠣᠷᠮ᠎ᠠ᠂ ᠮᠡᠳᠡᠷᠡᠬᠦ ᠬᠡᠮᠵᠢᠶ᠎ᠡ ᠪᠠ ᠢᠲᠡᠭᠡᠬᠦ ᠬᠡᠮᠵᠢᠶ᠎ᠡ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠣᠳᠴᠤ ᠪᠠᠶᠢᠭᠠᠳ ᠵᠥᠷᠢᠴᠡᠯ ᠵᠢᠭᠤᠷᠠᠯᠳᠤᠭᠠᠨ ᠳᠤ ᠲᠤᠯᠭᠠᠷᠠᠪᠠᠯ ᠰᠠᠨᠠᠭᠠᠴᠢᠯᠠᠭ᠎ᠠ ᠠᠴᠠ ᠪᠠᠨ ᠶᠡᠷᠦᠩᠬᠡᠶᠢᠯᠡᠨ ᠵᠠᠰᠠᠬᠤ ᠲᠥᠪ ᠲᠦ ᠬᠦᠷᠴᠦ ᠨᠠᠮᠳᠠᠭᠤᠯᠬᠤ ᠤᠬᠠᠮᠰᠠᠷ ᠢ ᠪᠣᠶ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃

 

  

  