ᠣᠶᠢᠷ᠎ᠠ ᠢᠢᠨ ᠵᠢᠯ ᠳᠤ᠂ ᠠᠤᠬᠠᠨ ᠬᠤᠰᠢᠭᠤᠨ ᠤ ᠬᠤᠸᠠᠩ ᠶᠠᠩ ᠸᠠ ᠪᠠᠯᠭᠠᠰᠤᠨ ᠤ ᠰᠢᠨ᠎ᠡ ᠴᠠᠭ ᠦᠶ᠎ᠡ ᠢᠢᠨ ᠪᠣᠯᠪᠠᠰᠤᠨ ᠤ ᠦᠢᠯᠡᠳᠦᠯᠭᠡ ᠵᠢᠨ ᠭᠠᠵᠠᠷ ︽ᠠᠷᠠᠳ ᠤᠨ ᠰᠡᠳᠭᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠢᠢ ᠪᠤᠢ ᠪᠤᠯᠭᠠᠬᠤ︾ᠡᠭᠦᠷᠭᠡ ᠬᠠᠷᠢᠭᠤᠴᠠᠯᠭ᠎ᠠ ᠢᠢᠨ ᠲᠣᠭᠤᠷᠢᠨ ᠳᠤ᠂ ᠪᠣᠯᠪᠠᠰᠤᠨ ᠤ ᠦᠢᠯᠡᠳᠦᠯᠭᠡ ᠢᠢᠨ ᠰᠠᠶᠢᠨ ᠳᠤᠷ᠎ᠠ ᠢᠢᠨ ᠦᠢᠯᠡᠴᠢᠯᠡᠭᠡ ᠪᠠᠷ ᠦᠨᠳᠦᠰᠦᠨ ᠬᠡᠯᠪᠡᠷᠢ ᠪᠣᠯᠭᠠᠵᠤ᠂ ᠠᠵᠢᠯᠲᠠᠨ ᠤ ᠡᠩᠨᠡᠭᠡ᠂ ᠪᠠᠯᠠ ᠮᠥᠩᠭᠦ ᠢᠢᠨ ᠡᠬᠢ ᠪᠠᠶᠠᠯᠢᠭ᠂ ᠲᠠᠪᠴᠠᠩ ᠤᠨ ᠠᠴᠢᠶᠠᠯᠠᠪᠤᠷᠢ᠂ ᠲᠥᠷᠥᠯ ᠵᠦᠢᠯ ᠤᠨ ᠠᠵᠢᠯᠯᠠᠭ᠎ᠠ ᠢᠢ ᠡᠮᠬᠢᠯᠡᠨ ᠨᠡᠶᠢᠯᠡᠭᠦᠯᠵᠦ᠂ ᠤᠬᠠᠭᠤᠯᠭ᠎ᠠ᠂ ᠰᠤᠷᠭᠠᠨ ᠬᠥᠮᠦᠵᠢᠯ᠂ ᠦᠢᠯᠡᠴᠢᠯᠡᠭᠡ᠂ ᠣᠯᠠᠨ ᠲᠦᠮᠡᠨ ᠢ ᠬᠥᠲᠥᠯᠥᠨ ᠵᠢᠯᠤᠭᠤᠳᠬᠤ ᠵᠡᠷᠬᠡ ᠢᠳᠡᠪᠬᠢ ᠦᠢᠯᠡᠳᠦᠯ ᠢ ᠪᠠᠳᠠᠷᠠᠭᠤᠯᠵᠤ᠂ ᠪᠣᠯᠪᠠᠰᠤᠨ ᠤ ᠦᠢᠯᠡᠳᠦᠯᠭᠡ ᠢᠢᠨ ᠥᠷᠲᠡᠭᠡ ᠴᠡᠭ ᠢ ᠪᠥᠬᠦ ᠴᠠᠷᠠᠭ᠎ᠠ ᠪᠠᠷ ᠪᠥᠷᠬᠦᠭᠦᠯᠤᠨ᠂ ᠪᠣᠯᠪᠠᠰᠤᠨ ᠤ ᠦᠢᠯᠡᠳᠦᠯᠭᠡ ᠢᠢᠨ ᠲᠥᠷᠥᠯ ᠲᠡᠮᠳᠡᠭ ᠢ ᠡᠬᠦᠳᠬᠦ ᠵᠢ ᠴᠢᠷᠮᠠᠶᠢᠨ ᠠᠬᠢᠭᠤᠯᠵᠠᠢ᠃
ᠪᠣᠯᠪᠠᠰᠤᠨ ᠤ ᠦᠢᠯᠡᠳᠦᠯᠭᠡ ᠢᠢᠨ ᠵᠢᠭᠰᠠᠭᠠᠯ ᠤᠨ ᠭᠠᠵᠠᠷ ᠢ ᠲᠠᠰᠤᠷᠠᠯᠲᠠ ᠦᠭᠡᠢ ᠪᠠᠬᠢᠵᠢᠭᠦᠯᠵᠠᠢ᠃ ᠬᠤᠸᠠᠩ ᠶᠠᠩ ᠸᠠ ᠪᠠᠯᠭᠠᠰᠤ ᠦᠨᠳᠦᠰᠦᠨ ᠱᠠᠳᠤ ᠢᠢ ᠪᠠᠬᠢᠵᠢᠭᠦᠯᠬᠦ ᠳ᠋ᠦ ᠬᠦᠴᠦᠯᠠᠵᠤ᠂ ᠪᠣᠯᠪᠠᠰᠤᠨ ᠤ ᠦᠢᠯᠡᠳᠦᠯᠭᠡ ᠢᠢᠨ ᠵᠢᠭᠰᠠᠭᠠᠯ ᠤᠨ ᠭᠠᠵᠠᠷ ᠢ ᠠᠮᠢᠳᠤᠯᠢᠭ ᠪᠣᠯᠭᠠᠨ᠂ ᠬᠥᠮᠦᠰ ᠢ ᠨᠢᠭᠲᠠᠷᠠᠭᠤᠯᠪᠠ᠃ ᠨᠠᠮ ᠤᠨ ᠬᠡᠰᠢᠬᠦᠨ ᠪᠠ ᠣᠯᠠᠨ ᠲᠦᠮᠡᠨ ᠳ᠋ᠦ ᠦᠢᠯᠡᠴᠢᠯᠡᠬᠦ ᠲᠥᠪ᠂ ︽ᠲᠠᠯ᠎ᠠ ᠨᠤᠲᠤᠭ ᠤᠨ ᠨᠣᠮ ᠤᠨ ᠥᠷᠥᠭᠡ︾ᠵᠡᠷᠭᠡ ᠡᠯ᠎ᠡ ᠲᠥᠷᠥᠯ ᠤᠨ ᠵᠢᠭᠰᠠᠭᠠᠯ ᠤᠨ ᠭᠠᠵᠠᠷ ᠢ ᠡᠮᠬᠢᠯᠡᠨ ᠨᠡᠶᠢᠯᠡᠭᠦᠯᠵᠦ᠂ ᠪᠠᠯᠭᠠᠰᠤᠨ ᠤ ᠰᠢᠨ᠎ᠡ ᠴᠠᠭ ᠦᠶ᠎ᠡ ᠢᠢᠨ ᠪᠣᠯᠪᠠᠰᠤᠨ ᠤ ᠦᠢᠯᠡᠳᠦᠯᠭᠡ ᠵᠢᠨ ᠭᠠᠵᠠᠷ ᠵᠢᠡᠷ ᠲᠥᠪ ᠪᠣᠯᠭᠠᠵᠤ᠂ ᠰᠢᠨ᠎ᠡ ᠴᠠᠭ ᠦᠶ᠎ᠡ ᠢᠢᠨ ᠪᠣᠯᠪᠠᠰᠤᠨ ᠤ ᠦᠢᠯᠡᠳᠦᠯᠭᠡ ᠢᠢᠨ 15 ᠥᠷᠲᠡᠭᠡ᠂ ᠰᠢᠨ᠎ᠡ ᠴᠠᠭ ᠦᠶ᠎ᠡ ᠢᠢᠨ ᠪᠣᠯᠪᠠᠰᠤᠨ ᠤ ᠦᠢᠯᠡᠳᠦᠯᠭᠡ ᠢᠢᠨ 1 ᠠᠭᠤᠳᠠᠮ ᠲᠠᠯᠠᠪᠠᠶ ᠢᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠢᠢ ᠪᠡᠶᠡᠯᠡᠭᠦᠯᠪᠡ᠃ ᠣᠯᠠᠨ ᠲᠦᠮᠡᠨ ᠲᠠᠨᠢᠯᠴᠠᠭᠤᠯᠬᠤ᠂ ᠲᠤᠬᠠᠶ ᠢᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷ᠂ ᠰᠣᠶᠣᠯ ᠤᠨ ᠴᠢᠳᠠᠪᠤᠷᠢᠲᠠᠨ᠂ ᠠᠷᠠᠳ ᠤᠨ ᠴᠠᠭᠳᠠᠭ᠎ᠠ᠂ ᠡᠮᠡᠭ᠍ᠲᠡᠶᠢᠴᠦᠳ ᠤᠨ ᠲᠥᠯᠥᠭᠡᠯᠡᠭ᠍ᠴᠢ᠂ ᠨᠤᠲᠤᠭ ᠤᠨ ᠮᠡᠷᠭᠡᠳ᠂ ᠪᠠᠶᠠᠵᠢᠯ ᠤᠨ ᠬᠦᠳᠦᠴᠢ᠂ ᠲᠤᠤᠷᠵᠢᠯ ᠤᠨ ᠠᠵᠢᠯᠲᠠᠨ᠂ ᠣᠶᠤᠲᠠᠨ ᠵᠡᠷᠭᠡ ᠡᠯ᠎ᠡ ᠲᠥᠷᠥᠯ ᠤᠨ ᠰᠠᠶᠢᠨ ᠳᠤᠷᠠᠴᠤᠳ ᠢ ᠳᠠᠶᠢᠴᠢᠯᠠᠵᠤ᠂ ᠪᠠᠯᠭᠠᠰᠤ ᠲᠣᠰᠬᠤᠨ ᠬᠤᠶᠠᠷ ᠱᠠᠲᠤᠨ ᠤ ᠤᠨᠤᠯ ᠢ ᠤᠬᠠᠭᠤᠯᠤᠨ ᠲᠠᠶᠢᠯᠪᠤᠷᠢᠯᠠᠬᠤ ᠡᠡᠭᠨᠡᠬᠡ᠂ ᠬᠠᠤᠯᠢ ᠴᠠᠭᠠᠵᠠ ᠢᠢᠨ ᠦᠢᠯᠡᠴᠢᠯᠡᠬᠡᠨ ᠤ ᠡᠡᠭᠨᠡᠬᠡ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠡᠡᠭᠨᠡᠬᠡ᠂ ᠴᠢᠳᠠᠪᠤᠷᠢᠲᠠᠨ ᠤ ᠡᠡᠭᠨᠡᠬᠡ᠂ ᠡᠮᠡᠭ᠍ᠲᠡᠢ ᠰᠠᠶᠢᠨ ᠳᠤᠷᠠᠴᠤᠳ ᠤᠨ ᠡᠩᠨᠡᠭᠡ ᠵᠡᠷᠬᠡ 51 ᠡᠡᠭᠨᠡᠬᠡ ᠵᠢ ᠪᠠᠶᠢᠭᠤᠯᠵᠤ᠂ ᠲᠥᠷᠥ ᠢᠢᠨ ᠪᠣᠳᠣᠯᠭ᠎ᠠ ᠢᠢ ᠲᠠᠶᠢᠯᠪᠤᠷᠢᠯᠠᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭ᠍ᠴᠡᠯᠡᠨ ᠵᠠᠰᠠᠬᠤ᠂ ᠨᠠᠰᠤᠲᠠᠨ ᠢᠶᠠᠨ ᠬᠦᠨᠳᠦᠯᠡᠵᠦ ᠵᠡᠮᠳᠡᠭ᠍ᠴᠦᠳ ᠢ ᠲᠤᠰᠠᠯᠠᠬᠤ᠂ ᠬᠠᠪᠰᠤᠷᠤᠨ ᠭᠦᠢᠴᠡᠳᠭᠡᠵᠦ ᠣᠷᠣᠯᠠᠨ ᠭᠦᠢᠴᠡᠳᠭᠡᠬᠦ ᠵᠡᠷᠭᠡ ᠰᠠᠶᠢᠨ ᠳᠤᠷ᠎ᠠ ᠢᠢᠨ ᠦᠢᠯᠡᠴᠢᠯᠡᠭᠡᠨ ᠤ ᠠᠵᠢᠯᠯᠠᠭ᠎ᠠ ᠢᠢ ᠪᠠᠶᠢᠩᠭᠤ ᠥᠷᠨᠢᠭᠦᠯᠵᠦ᠂ ᠪᠣᠳᠠᠲᠤ ᠶᠠᠪᠤᠳᠠᠯ ᠢᠶᠠᠷ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠤᠯᠪᠠ᠃ ᠪᠣᠯᠪᠠᠰᠤᠨ ᠤ ᠦᠢᠯᠡᠳᠦᠯᠭᠡ ᠢᠢᠨ ᠠᠵᠢᠯ ᠢ ᠲᠦᠷᠦ ᠵᠢᠨ ᠪᠤᠳᠤᠯᠭ᠎ᠠ ᠲᠠᠢ ᠤᠶᠠᠯᠳᠤᠭᠤᠯᠤᠨ ᠪᠤᠲᠠᠲᠠᠶᠢᠵᠢᠭᠤᠯᠵᠠᠢ ᠰᠢ ᠢᠢᠨ ᠫᠢᠩ ᠤᠨ ᠰᠢᠨ᠎ᠡ ᠴᠠᠭ ᠦᠶ᠎ᠡ ᠢᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠬᠥᠳᠡᠭᠡ ᠲᠣᠰᠬᠤᠨ ᠢ ᠬᠥᠭ᠍ᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠬᠥᠮᠦᠵᠢᠭᠦᠯᠬᠦ ᠲᠥᠪ᠂ ᠨᠠᠮ ᠤᠨ ᠬᠡᠰᠢᠬᠦᠨ ᠪᠠ ᠣᠯᠠᠨ ᠲᠦᠮᠡᠨ ᠳ᠋ᠦ ᠦᠢᠯᠡᠴᠢᠯᠡᠬᠦ ᠲᠥᠪ᠂ ᠲᠠᠷᠢᠶᠠᠯᠠᠩ ᠮᠠᠯ ᠠᠵᠤ ᠠᠬᠤᠶ ᠢᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠬᠡᠰᠢᠬᠦᠳ ᠤᠨ ᠳᠠᠪᠠᠭᠤᠯᠢᠭ ᠢ ᠪᠠᠳᠠᠷᠠᠭᠤᠯᠵᠤ᠂ ᠪᠠᠯᠭᠠᠰᠤ ᠲᠣᠰᠬᠤᠨ ᠬᠤᠶᠠᠷ ᠱᠠᠲᠤᠨ ᠤ ᠤᠬᠠᠭᠤᠯᠤᠨ ᠲᠠᠶᠢᠯᠪᠤᠷᠢᠯᠠᠬᠤ ᠡᠩᠨᠡᠭᠡ ᠢᠢ ᠵᠣᠬᠢᠶᠠᠨ ᠪᠠᠶᠢᠭᠤᠯᠤᠨ᠂ ᠣᠨᠣᠯ ᠲᠥᠷᠥ ᠢᠢᠨ ᠪᠣᠳᠣᠯᠭ᠎ᠠ᠂ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ᠂ ᠪᠣᠯᠪᠠᠰᠤᠨ ᠤ ᠦᠢᠯᠡᠳᠦᠯᠭᠡ᠂ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠢᠢ ᠨᠡᠶᠢᠲᠡ 300 ᠭᠠᠷᠤᠶ ᠲᠠᠯᠠᠪᠤᠷ ᠤᠳᠠᠭ᠎ᠠ ᠥᠷᠨᠢᠭᠦᠯᠵᠦ᠂ ᠲᠦᠷᠦ ᠵᠢᠨ ᠪᠤᠳᠤᠯᠭ᠎ᠠ ᠵᠢᠨ ᠲᠤᠬᠠᠶ ᠣᠯᠠᠨ ᠲᠦᠮᠡᠨ ᠤ ᠤᠶᠢᠯᠠᠭᠠᠯᠳᠠ ᠢᠢ ᠲᠠᠰᠤᠷᠠᠯᠲᠠ ᠥᠬᠡᠶ ᠨᠡᠮᠡᠭ᠍ᠳᠡᠭᠦᠯᠪᠡ᠃
ᠬᠤᠸᠠᠩ ᠶᠠᠩ ᠸᠠ ᠪᠠᠯᠭᠠᠰᠤ ᠤᠯᠠᠨ ᠲᠦᠮᠡᠨ ᠤ ᠬᠡᠷᠡᠭ᠍ᠴᠡᠭᠡ ᠪᠠᠷ ᠤᠳᠤᠷᠢᠳᠤᠮᠵᠢ ᠪᠣᠯᠭᠠᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠴᠢᠷᠳᠡᠯ ᠵᠢᠴᠢ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠴᠠᠯᠢᠬ᠍ᠳᠤ ᠰᠣᠳᠣᠨ ᠰᠠᠶᠢᠨ ᠳᠤᠷ᠎ᠠ ᠢᠢᠨ ᠦᠢᠯᠡᠴᠢᠯᠡᠭᠡᠨ ᠤ ᠲᠦᠷᠦᠯ ᠲᠡᠮᠳᠡᠭ ᠢ 3 ᠪᠤᠶᠢᠵᠢᠭᠤᠯᠪᠠ᠃ ᠰᠠᠶᠢᠨ ᠳᠤᠷᠠᠴᠤᠳ ᠦᠨᠳᠦᠰᠦᠨ ᠱᠠᠲᠤᠨ ᠳ᠋ᠦ ᠢᠳᠡᠪᠬᠢᠲᠠᠢ ᠠᠵᠢᠯᠯᠠᠵᠤ᠂ ᠤᠯᠠᠨ ᠲᠦᠮᠡᠨ ᠤ ᠬᠦᠷᠲᠡᠮᠵᠢ ᠢᠢᠨ ᠲᠦᠷᠦᠭ᠍ᠳᠡᠯ ᠪᠤᠯᠤᠨ ᠵᠣᠯ ᠵᠢᠷᠭᠠᠯᠲᠤ ᠲᠦᠷᠦᠭ᠍ᠳᠡᠯ ᠢ ᠨᠡᠩ ᠲᠡᠬᠡᠭᠰᠢᠯᠡᠬᠦᠯᠵᠦ᠂ ᠠᠮᠤᠷ ᠲᠦᠪᠰᠢᠨ ᠤ ᠲᠦᠷᠦᠭ᠍ᠳᠡᠯ ᠢ ᠨᠡᠩ ᠪᠠᠲᠤᠯᠠᠭ᠎ᠠ ᠲᠠᠢ ᠪᠣᠯᠭᠠᠵᠠᠢ᠃ ᠪᠣᠯᠪᠠᠰᠤᠨ ᠤ ᠦᠢᠯᠡᠳᠦᠯᠭᠡ ᠢᠢᠨ ᠰᠢᠨ᠎ᠡ ᠢᠢ ᠡᠭᠦᠳᠬᠦ ᠠᠷᠭ᠎ᠠ ᠵᠠᠮ ᠢ ᠢᠳᠡᠪᠬᠢᠲᠡᠢ ᠰᠦᠪᠡᠭ᠍ᠴᠢᠯᠡᠵᠠᠢ ᠬᠤᠸᠠᠩ ᠶᠠᠩ ᠸᠠ ᠪᠠᠯᠭᠠᠰᠤ ᠪᠦᠬᠦ ᠪᠠᠯᠭᠠᠰᠤᠨ ᠤ ᠡᠯ᠎ᠡ ᠰᠢᠨ᠎ᠡ ᠴᠠᠭ ᠦᠶ᠎ᠡ ᠢᠢᠨ ᠪᠣᠯᠪᠠᠰᠤᠨ ᠤ ᠦᠢᠯᠡᠳᠦᠯᠭᠡ ᠢᠢᠨ ᠭᠠᠵᠠᠷ︵ᠥᠷᠲᠡᠭᠡ︶᠂ ᠶᠣᠰᠣ ᠰᠤᠷᠲᠠᠬᠤᠨ ᠤ ᠵᠥᠪᠯᠡᠯᠭᠡᠨ ᠤ ᠬᠤᠷᠠᠯ ᠳᠤ ᠲᠦᠰᠢᠭ᠍ᠯᠡᠨ᠂ ᠲᠡᠷᠢᠭᠦᠨ ᠤ ᠨᠡᠶᠢᠲᠡᠯᠢᠭ ᠵᠢᠱᠢᠶ᠎ᠡ ᠪᠠ ᠳᠡᠷᠭᠡᠳᠡᠬᠢ ᠶᠣᠰᠣ ᠰᠤᠷᠲᠠᠬᠤᠨ ᠤ ᠳᠠᠭᠤᠷᠢᠶᠠᠯ ᠢ ᠢᠳᠡᠪᠬᠢᠲᠡᠶ ᠪᠠᠷ ᠪᠤᠶᠢᠵᠢᠭᠤᠯᠤᠨ ᠠᠭᠤᠳᠠᠯᠵᠤ᠂ ︽ᠬᠤᠸᠠᠩ ᠶᠠᠩ ᠸᠠ ᠵᠢᠨ ᠰᠠᠶᠢᠨ ᠬᠥᠮᠦᠨ︾᠂ ᠦᠵᠡᠰᠭᠦᠯᠡᠩᠲᠦ ᠰᠠᠶᠢᠬᠠᠨ ᠬᠦᠷᠢᠶ᠎ᠡ ᠬᠠᠰᠢᠶ᠎ᠠ᠂ ᠰᠢᠯᠢᠳᠡᠭ ᠰᠠᠶᠢᠨ ᠳᠤᠷᠠᠴᠤᠳ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠭᠰᠠᠨ ᠵᠢᠱᠢᠶᠡᠴᠢ᠂ ︽ᠰᠠᠶᠢᠨ ᠪᠡᠷᠢ ᠰᠠᠶᠢᠨ ᠬᠠᠳᠠᠮ ᠡᠵᠢ︾ᠵᠡᠷᠭᠡ ᠵᠢ ᠰᠢᠯᠭᠠᠷᠠᠭᠤᠯᠬᠤ ᠠᠵᠢᠯᠯᠠᠭᠠᠨ ᠥᠷᠨᠢᠭᠦᠯᠵᠦ᠂ ᠬᠡᠪ ᠵᠠᠩᠰᠢᠯ ᠢ ᠥᠭᠡᠷᠡᠴᠢᠯᠡᠬᠦ ᠢᠢ ᠠᠬᠢᠭᠤᠯᠤᠨ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠣᠯᠭᠠᠵᠤ᠂ ᠳᠡᠷᠭᠡᠳᠡᠬᠢ ᠬᠥᠮᠦᠨ᠂ ᠳᠡᠷᠭᠡᠳᠡᠬᠢ ᠶᠠᠪᠤᠳᠠᠯ ᠢᠶᠠᠷ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠶᠤᠰᠤ ᠰᠤᠷᠲᠠᠬᠤᠨ ᠬᠡᠪ ᠪᠣᠯᠪᠠᠰᠤᠷᠠᠯ ᠢ ᠳᠡᠭᠡᠭ᠍ᠰᠢᠯᠡᠭᠦᠯᠪᠡ᠃ ᠣᠳᠣᠬᠠᠨ ᠳᠤ᠂ ᠵᠠᠩ ᠭᠦᠸᠧ ᠯᠠᠨ᠂ ᠸᠠᠩ ᠰᠢᠶᠤᠤ ᠭᠤᠸᠠᠩ᠂ ᠯᠢ ᠰᠢᠨ ᠷᠠᠨ ᠵᠡᠷᠭᠡ ᠡᠯ᠎ᠡ ᠬᠦᠷᠢᠶᠡᠨ ᠤ 194 ᠳᠠᠭᠤᠷᠢᠶᠠᠯ ᠢ ᠰᠣᠩᠭᠤᠨ ᠭᠠᠷᠭᠠᠪᠠ᠃
ᠡᠭᠦᠨ ᠠᠴᠠ ᠭᠠᠳᠠᠨ᠎ᠠ᠂ ᠲᠣᠰ ᠪᠠᠯᠭᠠᠰᠤ ᠪᠠᠰᠠ ᠨᠠᠮ ᠤᠨ ᠳᠤᠭᠤᠶᠢᠯᠠᠩ ᠤᠨ ᠳᠠᠷᠤᠭ᠎ᠠ᠂ ᠨᠠᠮ ᠤᠨ ᠭᠡᠰᠢᠭᠦᠨ᠂ ᠨᠠᠮ ᠳᠤ ᠣᠷᠣᠬᠤ ᠢᠳᠡᠪᠬᠢᠲᠡᠨ᠂ ᠳᠤᠭᠤᠶᠢᠯᠠᠩ ᠤᠨ ᠳᠠᠷᠤᠭ᠎ᠠ᠂ ᠲᠤᠰᠬᠤᠨ ᠤ ᠠᠷᠠᠳ ᠤᠨ ᠲᠦᠯᠦᠬᠡᠯᠡᠭᠴᠢ᠂ ᠪᠠᠶᠠᠵᠢᠯ ᠤᠨ ᠬᠦᠳᠦᠴᠢ ᠪᠠ ᠨᠤᠲᠤᠭ ᠤᠨ ᠮᠡᠷᠭᠡᠳ ᠵᠡᠷᠬᠡ ᠳᠣᠯᠤᠭᠠᠨ ᠲᠥᠷᠥᠯ ᠤᠨ ᠬᠥᠮᠦᠨ ᠢᠶᠠᠷ ᠪᠦᠷᠢᠯᠳᠦᠭ᠍ᠰᠡᠨ ᠵᠣᠷᠢᠭ ᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ︽ᠲᠤᠯᠤᠭᠠᠨ ᠮᠡᠷᠭᠡᠳ ᠤᠨ ᠪᠦᠯᠬᠦᠮ︾ ᠢ ᠰᠢᠨ᠎ᠡ ᠪᠠᠷ ᠡᠭᠦᠳᠦᠨ ᠪᠠᠶᠢᠭᠤᠯᠵᠤ᠂ ᠬᠠᠤᠯᠢ ᠢᠢ ᠣᠶᠢᠯᠠᠭᠠᠨ᠂ ᠶᠣᠰᠣ ᠤᠴᠢᠷ ᠢ ᠮᠡᠳᠡᠬᠦ ᠨᠤᠲᠤᠭ ᠤᠨ ᠴᠢᠳᠠᠪᠤᠷᠢᠲᠠᠨ ᠤ ᠬᠡᠪ ᠵᠠᠩᠰᠢᠯ ᠢ ᠥᠭᠡᠷᠡᠴᠢᠯᠡᠬᠦ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ︽ᠤᠯᠠᠭᠠᠨ ᠬᠠᠷ᠎ᠠ ᠰᠠᠮᠪᠠᠷ᠎ᠠ︾᠂ ᠬᠤᠷᠢᠮ ᠤᠷᠤᠰᠢᠭᠤᠯᠭ᠎ᠠ ᠵᠢᠨ ᠶᠠᠪᠤᠳᠠᠯ ᠢ ᠲᠦᠬᠦᠮᠴᠢᠯᠡᠬᠦ᠂ ᠪᠣᠯᠪᠠᠰᠤᠨ ᠢ ᠠᠳᠠᠯᠢᠳᠬᠠᠨ ᠰᠢᠯᠭᠠᠷᠠᠭᠤᠯᠬᠤ ᠵᠡᠷᠭᠡ ᠠᠵᠢᠯᠯᠠᠭ᠎ᠠ ᠢᠢ ᠪᠥᠬᠦ ᠲᠠᠯ᠎ᠠ ᠪᠠᠷ ᠰᠠᠨᠠᠭᠠᠴᠢᠯᠠᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠰᠢᠨ᠎ᠡ ᠬᠡᠪ ᠰᠤᠷᠲᠠᠯ ᠢ ᠪᠣᠶ ᠪᠣᠯᠭᠠᠵᠤ᠂ ᠰᠣᠶᠣᠯ ᠢᠶᠠᠷ ᠬᠥᠮᠦᠨ ᠢ ᠬᠦᠮᠦᠵᠢᠬᠦᠯᠦᠨ᠂ ᠮᠣᠷᠠᠯ ᠢᠶᠠᠷ ᠰᠡᠳᠭᠢᠯ ᠢ ᠤᠮᠳᠠᠯᠠᠬᠤ ᠰᠠᠶᠢᠨ ᠦᠷ᠎ᠡ ᠪᠦᠲᠦᠮᠵᠢ ᠢᠢ ᠣᠯᠵᠦ᠂ 2023 ᠣᠨ ᠳᠤ ︽ᠲᠤᠯᠤᠭᠠᠨ ᠮᠡᠷᠭᠡᠳ ᠤᠨ ᠪᠦᠯᠬᠦᠮ︾ᠨᠢ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠡᠪ ᠵᠠᠩᠰᠢᠯ ᠢ ᠥᠭᠡᠷᠡᠴᠢᠯᠡᠭ᠍ᠰᠡᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠦᠨᠡᠯᠡᠭ᠍ᠳᠡᠭᠰᠡᠨ ᠪᠠᠶᠢᠨ᠎ᠠ᠃ ︵ ᠮᠧᠩ ᠵᠢᠩ ᠬᠠᠩ︶
