7 ᠰᠠᠷ᠎ᠠ ᠵᠢᠨ 3 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠵᠢᠨ ᠲᠠᠮᠢᠷ ᠤᠨ ᠲᠤᠪᠴᠢᠶ᠎ᠠ ᠡᠴᠡ ᠭᠤᠤᠯᠯᠠᠨ ᠡᠷᠬᠢᠯᠡᠵᠦ᠂ ᠤᠯᠠᠭᠠᠨᠬᠠᠳᠠ ᠬᠤᠳᠠ ᠵᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠪᠤᠯᠤᠨ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠡᠴᠡ ᠲᠠᠭᠠᠭᠠᠴᠢᠯᠠᠨ ᠡᠷᠬᠢᠯᠡᠭᠰᠡᠨ 2025 ᠣᠨ ᠤ ᠪᠥᠬᠦ ᠣᠷᠣᠨ ᠤ ᠦᠨᠳᠦᠰᠦᠲᠡᠨ ᠤ ᠰᠤᠷ ᠬᠠᠷᠪᠤᠯᠳᠠ ᠵᠢᠨ ᠤᠷᠤᠯᠳᠤᠭᠠᠨ ᠪᠠᠭᠠᠷᠢᠨ ᠪᠠᠷᠠᠭᠤᠨ ᠬᠤᠰᠢᠭᠤᠨ ᠤ ᠠᠳᠤᠭᠤᠨ ᠲᠠᠯ᠎ᠠ ᠮᠤᠷᠢᠨ ᠤᠷᠤᠯᠳᠤᠭᠠᠨ ᠤ ᠲᠠᠯᠠᠪᠠᠢ ᠳ᠋ᠤ ᠤᠳᠬ᠎ᠠ ᠲᠡᠭᠦᠯᠳᠡᠷ ᠪᠤᠯᠵᠦ ᠦᠩᠭᠡᠷᠡᠯ᠎ᠡ᠃
ᠲᠣᠰ ᠤᠳᠠᠭᠠᠨ ᠤ ᠤᠷᠤᠯᠳᠤᠭᠠᠨ ᠳᠤ ᠪᠥᠬᠦ ᠣᠷᠣᠨ ᠤ 12 ᠠᠶᠢᠮᠠᠭ ᠬᠤᠳᠠ ᠠᠴᠠ 200 ᠭᠠᠷᠤᠢ ᠰᠤᠳᠤᠨ ᠬᠠᠷᠪᠤᠭᠠᠴᠢᠳ ᠬᠦᠷᠦᠯᠴᠡᠨ ᠢᠷᠡᠵᠡᠭᠡᠵᠦ᠂ ᠡᠷᠬᠡᠢ ᠮᠡᠷᠭᠡᠨ ᠤᠷ᠎ᠠ ᠴᠢᠳᠠᠪᠤᠷᠢ ᠪᠠᠨ ᠬᠠᠷᠠᠭᠤᠯᠬᠤ ᠵᠢᠨ ᠬᠠᠮᠲᠤ ᠪᠠᠰᠠ ᠦᠨᠳᠦᠰᠦᠲᠡᠨ ᠤ ᠤᠯᠠᠮᠵᠢᠯᠠᠯᠲᠤ ᠪᠡᠶ᠎ᠡ ᠵᠢᠨ ᠲᠠᠮᠢᠷ ᠤᠨ ᠵᠢᠪᠬᠤᠭ᠎ᠠ ᠬᠡᠶᠢᠮᠦᠷᠢ ᠵᠢ ᠭᠠᠶᠢᠬᠠᠭᠤᠯᠤᠭᠰᠠᠨ ᠪᠠᠶᠢᠨ᠎ᠠ᠃
ᠤᠷᠤᠯᠳᠤᠭᠠᠨ ᠨᠢ 7 ᠰᠠᠷ᠎ᠠ ᠵᠢᠨ 3 ᠤ᠋ ᠡᠳᠦᠷ ᠡᠴᠡ 7 ᠰᠠᠷ᠎ᠠ ᠵᠢᠨ 4 ᠤ᠋ ᠡᠳᠦᠷ ᠪᠤᠯᠳᠠᠯ᠎ᠠ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠦ᠂ ᠵᠢᠷᠤᠭᠲᠤ ᠫᠠᠢ ᠵᠢᠨ ᠡᠷᠡᠭᠲᠡᠢ ᠡᠮᠡᠭᠲᠡᠢ ᠵᠢᠨ ᠨᠢᠭᠡᠴᠢ ᠵᠢᠨ ᠤᠷᠤᠯᠳᠤᠭᠠᠨ ᠪᠠ ᠬᠤᠪᠢ ᠬᠦᠮᠦᠨ ᠤ ᠤᠷᠤᠯᠳᠤᠭᠠᠨ᠂ ᠰᠠᠷᠠᠨ ᠫᠠᠢ ᠵᠢᠨ ᠡᠷᠡᠭᠲᠡᠢ ᠡᠮᠡᠭᠲᠡᠢ ᠵᠢᠨ ᠨᠢᠭᠡᠴᠢ ᠵᠢᠨ ᠤᠷᠤᠯᠳᠤᠭᠠᠨ ᠪᠠ ᠬᠤᠪᠢ ᠬᠦᠮᠦᠨ ᠤ ᠤᠷᠤᠯᠳᠤᠭᠠᠨ᠂ ᠨᠠᠮᠨᠠᠭ᠎ᠠ ᠵᠡᠷᠭᠡ ᠤᠷᠤᠯᠳᠤᠭᠠᠨ ᠤ ᠲᠦᠷᠦᠯ ᠢ ᠲᠤᠬᠢᠷᠠᠭᠤᠯᠤᠨ᠂ ᠳᠠᠮᠢᠷᠴᠢᠳ ᠦᠨᠭᠭᠡ ᠵᠢᠪᠬᠤᠭ᠎ᠠ ᠳᠡᠬᠦᠯᠳᠡᠷ᠂ ᠢᠳᠡᠭᠡᠯ ᠵᠤᠷᠢᠭ ᠪᠠᠳᠠᠷᠠᠭᠤᠨ᠂ ᠡᠪᠡᠷ ᠨᠤᠮᠤ ᠪᠠᠨ ᠡᠪᠰᠢᠶᠡᠯᠭᠡᠨ ᠦᠳᠦᠳᠦ ᠰᠤᠮᠤ ᠪᠠᠨ ᠤᠨᠢᠯᠠᠨ᠂ ᠡᠷᠳᠡᠨᠢᠳᠤ ᠬᠠᠰ ᠤᠨ ᠡᠷᠬᠡᠶᠢᠪᠴᠢ᠂ ᠡᠷᠡᠬᠡᠢ ᠮᠡᠷᠭᠡᠨ ᠨᠠᠮᠨᠠᠭᠠᠴᠢᠳ ᠤᠨ ᠡᠷᠡᠯᠬᠡᠭ ᠰᠦᠷ ᠡᠷᠴᠢ ᠬᠦᠴᠦ ᠨᠢ ᠨᠠᠶᠢᠷ ᠤᠨ ᠴᠢᠮᠡᠭ ᠨᠠᠭᠠᠳᠤᠮ ᠤᠨ ᠵᠤᠭ᠎ᠠ ᠪᠤᠯᠵᠤ᠂ ᠴᠢᠪᠬᠠᠳᠠᠰᠤᠲᠤ ᠰᠤᠮᠤ ᠪᠣᠯᠭᠠᠨ ᠨᠢ ᠲᠠᠮᠢᠷᠴᠢᠳ ᠤᠨ ᠬᠦᠰᠡᠯ ᠡᠷᠡᠮᠡᠯᠵᠡᠯ ᠪᠠ ᠴᠢᠷᠮᠠᠶᠢᠯᠭ᠎ᠠ ᠵᠢ ᠠᠴᠢᠶᠠᠯᠠᠵᠤ᠂ ᠦᠵᠡᠭ᠍ᠴᠢᠳ ᠲᠤ ᠰᠤᠷ ᠬᠠᠷᠪᠤᠯᠳᠠ ᠵᠢᠨ ᠥᠪᠡᠷᠮᠢᠴᠡ ᠷᠢᠳᠢ ᠰᠢᠳᠢ ᠵᠢ ᠮᠡᠳᠡᠷᠡᠭᠦᠯᠵᠦ᠂ ᠰᠤᠷᠴᠢᠳ ᠤᠨ ᠤᠨᠤᠭ᠎ᠠ ᠬᠠᠷᠪᠤᠯᠳᠠ ᠵᠢ ᠬᠠᠷᠠᠭᠰᠠᠨ ᠦᠵᠡᠭ᠍ᠴᠢᠳ ᠤᠨ ᠤᠤᠬᠠᠢ ᠬᠠᠰᠬᠢᠷᠤᠯᠳᠠ ᠵᠢᠨ ᠲᠠᠭᠤᠨ ᠪᠠᠶᠢᠨ ᠪᠠᠶᠢᠨ ᠲᠤᠭᠤᠯᠳᠠᠵᠦ᠂ ᠤᠷᠤᠯᠳᠤᠭᠠᠨ ᠳ᠋ᠤ ᠬᠦᠷ ᠬᠦᠭᠵᠢᠶᠡᠨ ᠨᠡᠮᠡᠷᠢᠯᠡᠵᠦ ᠪᠠᠶᠢᠯ᠎ᠠ᠃
ᠲᠣᠰ ᠤᠳᠠᠭᠠᠨ ᠤ ᠤᠷᠤᠯᠳᠤᠭᠠᠨ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠴᠦᠭᠡᠨ ᠲᠤᠭᠠᠲᠤ ᠦᠨᠳᠦᠰᠦᠳᠡᠨ ᠤ ᠤᠯᠠᠮᠵᠢᠯᠠᠯᠲᠤ ᠪᠡᠶ᠎ᠡ ᠵᠢᠨ ᠲᠠᠮᠢᠷ ᠤᠨ ᠴᠤᠭᠯᠠᠭᠠᠨ ᠡᠬᠢᠯᠡᠬᠦ ᠡᠴᠡ ᠡᠮᠦᠨᠡᠬᠢ ᠨᠢᠭᠡ ᠤᠳᠠᠭᠠᠨ ᠤ ᠴᠢᠬᠤᠯᠠ ᠶᠡᠭᠡ ᠰᠤᠷᠢᠭ᠎ᠠ ᠪᠤᠯᠪᠠᠰᠤᠷᠠᠯ ᠪᠤᠯᠤᠭᠰᠠᠨ ᠵᠢᠡᠷ ᠪᠠᠷᠠᠬᠤ ᠦᠭᠡᠢ᠂ ᠨᠠᠩ ᠴᠤ ᠦᠨᠳᠦᠰᠦᠲᠡᠨ ᠤ ᠰᠣᠶᠣᠯ ᠤᠨ ᠰᠣᠯᠢᠯᠴᠠᠭ᠎ᠠ ᠪᠠ ᠠᠭᠤᠰᠤᠯᠴᠠᠯ ᠤᠨ ᠲᠠᠪᠴᠠᠩ ᠪᠤᠯᠵᠦ᠂ ᠡᠯ᠎ᠡ ᠠᠶᠢᠮᠠᠭ ᠬᠤᠳᠠ ᠵᠢᠨ ᠲᠠᠮᠢᠷᠴᠢᠳ ᠤᠷᠤᠯᠳᠤᠭᠠᠨ ᠤ ᠳᠤᠮᠳᠠ ᠬᠠᠷᠢᠯᠴᠠᠨ ᠰᠤᠷᠤᠯᠴᠠᠨ ᠪᠤᠳᠤᠯ ᠰᠠᠨᠠᠯ ᠵᠢᠠᠨ ᠰᠣᠯᠢᠯᠴᠠᠵᠤ᠂ ᠬᠤᠭᠤᠷᠣᠨᠳᠣᠬᠢ ᠣᠶᠢᠯᠠᠭᠠᠯᠴᠠᠭ᠎ᠠ ᠪᠠ ᠨᠥᠬᠦᠷᠯᠡᠯ ᠵᠢᠡᠨ ᠵᠤᠵᠠᠭᠠᠳᠬᠠᠬᠤ ᠳ᠋ᠤ ᠲᠠᠪᠴᠠᠩ ᠬᠠᠩᠭᠠᠭᠰᠠᠨ ᠶᠠᠪᠤᠳᠠᠯ ᠪᠤᠯᠤᠨ᠎ᠠ᠃ ᠰᠤᠷ ᠬᠠᠷᠪᠤᠯᠳᠠ ᠨᠢ ᠥᠨᠢ ᠤᠳᠠᠭᠠᠨ ᠲᠡᠦᠬᠡ ᠲᠠᠢ ᠦᠨᠳᠦᠰᠦᠲᠡᠨ ᠤ ᠤᠯᠠᠮᠵᠢᠯᠠᠯᠲᠤ ᠪᠡᠶ᠎ᠡ ᠵᠢᠨ ᠲᠠᠮᠢᠷ ᠤᠨ ᠲᠥᠷᠥᠯ ᠵᠦᠢᠯ ᠪᠣᠯᠤᠭᠰᠠᠨ ᠤ ᠬᠤᠪᠢ ᠳᠤ᠂ ᠲᠤᠰ ᠤᠳᠠᠭᠠᠨ ᠤ ᠤᠷᠤᠯᠳᠤᠭᠠᠨ ᠤᠷ᠎ᠠ ᠮᠡᠷᠭᠡᠵᠢᠯ ᠤᠨ ᠦᠵᠡᠬᠦᠯᠦᠯᠳᠡ᠂ ᠤᠯᠠᠮᠵᠢᠯᠠᠯ ᠵᠠᠯᠭᠠᠮᠵᠢᠯᠠᠯ ᠤᠨ ᠬᠠᠷᠠᠯᠳᠠ ᠲᠠᠢ ᠶᠠᠪᠤᠭᠳᠠᠬᠤ ᠵᠢᠨ ᠬᠠᠮᠳᠤ᠂ ᠲᠠᠮᠢᠷᠴᠢᠳ ᠤᠨ ᠪᠡᠶ᠎ᠡ ᠮᠠᠬᠠᠪᠣᠳ ᠤᠨ ᠬᠡᠪ ᠴᠢᠨᠠᠷ ᠪᠣᠯᠤᠨ ᠮᠡᠷᠭᠡᠵᠢᠯ ᠦᠨ ᠲᠥᠪᠰᠢᠨ ᠢ ᠰᠢᠯᠭᠠᠵᠦ ᠂ ᠰᠢᠨᠲᠠᠷᠠᠰᠢ ᠦᠭᠡᠶ ᠴᠢᠷᠮᠠᠶᠢᠬᠤ ᠂ ᠵᠣᠷᠢᠭᠲᠠᠶ ᠪᠠᠷ ᠥᠷᠢᠰᠥᠯᠳᠥᠬᠦ ᠵᠣᠷᠢᠭ ᠰᠠᠨᠠᠭ᠎ᠠ ᠵᠢ ᠢᠯᠡᠷᠡᠭᠦᠯᠦᠭ᠍ᠰᠡᠨ ᠶᠤᠮ᠃
ᠬᠤᠶᠠᠷ ᠡᠳᠦᠷ ᠤᠨ ᠬᠤᠷᠴᠠ ᠰᠢᠷᠦᠭᠦᠨ ᠥᠷᠢᠰᠥᠯᠳᠦᠭᠡᠨ ᠵᠢᠡᠷ ᠳᠠᠮᠵᠢᠨ᠂ ᠡᠯ᠎ᠡ ᠲᠥᠷᠥᠯ ᠤᠨ ᠤᠷᠤᠯᠳᠤᠭᠠᠨ ᠤ ᠳ᠋ᠦᠩ ᠲᠤᠳᠤᠷᠠᠵᠦ᠂ ᠱᠠᠩᠨᠠᠨ ᠬᠦᠬᠢᠬᠦᠯᠬᠦ ᠶᠤᠰᠤᠯᠠᠯ 7 ᠰᠠᠷ᠎ᠠ ᠵᠢᠨ 4 ᠤ᠋ ᠡᠳᠦᠷ ᠤᠨ ᠤᠷᠤᠢ ᠶᠠᠪᠤᠭᠳᠠᠵᠠᠢ᠃ ᠪᠠᠭᠠᠷᠢᠨ ᠪᠠᠷᠠᠭᠤᠨ ᠬᠤᠰᠢᠭᠤᠨ ᠤ ᠮᠠᠯᠴᠢᠨ ᠰᠤᠷᠴᠢᠨ ᠰᠡᠴᠡᠨᠮᠦ᠋ᠩᠭᠡ᠄ ︽ᠲᠤᠰ ᠤᠳᠠᠭᠠᠨ ᠤ ᠤᠷᠤᠯᠳᠤᠭᠠᠨ ᠵᠢᠡᠷ ᠲᠠᠮᠵᠢᠨ ᠮᠠᠰᠢ ᠤᠯᠠᠨ ᠤᠯᠤᠯᠳᠠ ᠲᠠᠢ ᠪᠤᠯᠤᠯ᠎ᠠ᠂ ᠰᠤᠷ ᠬᠠᠷᠪᠤᠬᠤ ᠬᠢᠷᠢ ᠲᠦᠪᠰᠢᠨ ᠵᠢᠡᠨ ᠳᠡᠭᠡᠭ᠍ᠰᠢᠯᠡᠭᠥᠯᠬᠦ ᠳ᠋ᠤ ᠮᠠᠰᠢ ᠴᠢᠬᠤᠯᠠ ᠨᠢᠭᠡ ᠤᠳᠠᠭᠠᠨ ᠤ ᠰᠤᠷᠢᠯᠳᠠ ᠪᠤᠯᠵᠦ᠂ ᠮᠠᠰᠢ ᠣᠯᠠᠨ ᠡᠷᠡᠬᠡᠢ ᠮᠡᠷᠭᠡᠨ ᠬᠠᠷᠪᠤᠭᠠᠴᠢᠳ ᠲᠠᠢ ᠲᠠᠨᠢᠯᠴᠠᠵᠦ ᠨᠠᠶᠢᠵᠠ ᠪᠤᠯᠤᠯᠴᠠᠭᠰᠠᠨ ᠪᠠᠶᠢᠨ᠎ᠠ᠃ ᠮᠦᠨ ᠴᠦ ᠥᠪᠡᠷ ᠤᠨ ᠴᠢᠷᠮᠠᠶᠢᠯᠭ᠎ᠠ ᠪᠠᠷ ᠳᠠᠮᠵᠢᠭᠤᠯᠤᠨ᠂ ᠨᠠᠩ ᠣᠯᠠᠨ ᠬᠥᠮᠦᠰ ᠲᠦ ᠦᠨᠳᠦᠰᠦᠲᠡᠨ ᠤ ᠰᠤᠷ ᠬᠠᠷᠪᠤᠯᠳᠠ ᠵᠢ ᠤᠶᠢᠯᠠᠭᠠᠭᠤᠯᠤᠨ ᠣᠷᠤᠯᠴᠠᠭᠤᠯᠬᠤ ᠵᠢ ᠬᠦᠰᠡᠵᠦ ᠪᠠᠶᠢᠨ᠎ᠠ︾ ᠬᠡᠯ᠎ᠠ᠃
ᠰᠤᠷᠪᠤᠯᠵᠢᠯᠠᠭᠴᠢ ᠭᠤᠤ ᠮᠸᠢ ᠷᠦᠩ ᠦ·ᠰᠠᠷᠭᠠᠢ
