ᠲᠤᠰ ᠰᠣᠨᠢᠨ ᠤ ᠮᠡᠳᠡᠭᠡ ᠲᠦᠷᠦᠭᠦᠬᠡᠨ᠂ ᠠᠸᠬᠠᠨ ᠬᠣᠰᠢᠭᠤᠨ ᠤ ᠤᠰᠤᠨ ᠠᠰᠢᠭᠯᠠᠯᠲᠠ ᠢᠢᠨ ᠲᠣᠪᠴᠢᠶ᠎ᠠ ᠢᠢᠨ ᠤᠰᠤ ᠤᠮᠳᠠ ᠢᠢᠨ ᠬᠠᠮᠢᠶᠠᠷᠤᠯᠳᠠ ᠵᠢᠨ ᠠᠯᠪᠠᠨ ᠬᠡᠷ ᠦᠨ ᠬᠠᠷᠢᠭᠤᠴᠠᠯᠭᠠᠳᠠᠨ ᠤ ︽ᠤᠭᠰᠠᠷᠠᠵᠤ ᠳᠠᠭᠤᠰᠴᠠᠢ᠂ ᠴᠠᠬᠢᠯᠭᠠᠨ ᠨᠡᠪᠲᠡᠷᠡᠯ᠎ᠡ᠂ ᠤᠰᠤᠨ ᠤ ᠬᠠᠩᠭᠠᠯᠭ᠎ᠠ ᠬᠡᠪ ᠦᠨ ᠶᠣᠰᠣᠭᠠᠷ ᠪᠠᠶᠢᠨ᠎ᠠ᠂ ᠲᠣᠭ᠎ᠠ ᠪᠠᠷᠢᠮᠲᠠ ᠢᠢ ᠳᠠᠮᠵᠢᠭᠤᠯᠤᠭᠠᠷᠠᠢ︾ᠬᠡᠬᠦ ᠵᠢᠭᠠᠪᠤᠷᠢ ᠵᠢ ᠲᠠᠭᠠᠯᠳᠤᠨ᠂ ᠰᠢᠶᠠ ᠸᠠ ᠪᠠᠯᠭᠠᠰᠤ ᠵᠢᠨ ᠾᠧ ᠰᠢ ᠲᠣᠰᠬᠣᠨ ᠤ ᠤᠰᠤ ᠬᠠᠩᠭᠠᠬᠤ ᠢᠨᠵᠧᠨᠧᠷᠢᠩ ᠦᠨ ᠬᠥᠳᠡᠯᠦᠩᠭᠦᠶ ᠬᠢᠨᠠᠨ ᠬᠡᠮᠵᠢᠬᠦ ᠲᠥᠬᠥᠭᠡᠷᠦᠮᠵᠢ ᠵᠢᠩᠬᠢᠨᠢ ᠪᠡᠷ ᠠᠰᠢᠭᠯᠠᠯᠲᠠ ᠳᠤ ᠣᠷᠣᠵᠠᠢ᠃
ᠤᠳᠤ ᠠᠸᠬᠠᠨ ᠬᠣᠰᠢᠭᠤᠨ ᠳᠤ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠨᠡᠶᠢᠳᠡ 346 ᠪᠠᠶᠢᠵᠤ᠂ 10.9 ᠲᠦᠮᠡᠨ ᠡᠷᠦᠬᠡ ᠢᠢᠨ 36.5 ᠲᠦᠮᠡᠨ ᠬᠥᠮᠦᠨ ᠠᠮᠠ ᠳ᠋ᠤ ᠠᠰᠢᠭ ᠭᠥᠷᠳᠡᠭᠡᠵᠦ᠂ ᠪᠥᠬᠥ ᠬᠣᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠲᠦᠭᠡᠭᠡᠯ ᠤᠰᠤᠨ ᠤ ᠢᠨᠵᠧᠨᠧᠷᠢᠩ ᠦᠨ ᠲᠦᠭᠡᠮᠡᠯᠵᠢᠭ᠍ᠰᠡᠨ ᠨᠣᠷᠮ᠎ᠠ 83% ᠢᠢ ᠳᠠᠪᠠᠵᠠᠶ᠃ ᠬᠣᠰᠢᠭᠤᠨ ᠤ ᠤᠰᠤᠨ ᠠᠰᠢᠭᠯᠠᠯᠳᠠ ᠵᠢᠨ ᠲᠣᠪᠴᠢᠶᠠᠨ ᠤ ᠳᠠᠷᠤᠭ᠎ᠠ ᠶᠠᠩ ᠸᠧᠢ᠄︽ᠤᠷᠢᠳ ᠵᠢᠡᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠢᠢ ᠨᠢ ᠬᠢᠬᠦ᠂ ᠤᠷᠢᠳ ᠵᠢᠡᠷ ᠶᠡᠬᠡ ᠢᠢ ᠨᠢ ᠳᠠᠷᠠᠭ᠎ᠠ ᠨᠢ ᠪᠠᠭ᠎ᠠ ᠢᠢ ᠨᠢ ᠬᠢᠬᠦ ᠵᠠᠷᠴᠢᠮ ᠶᠣᠰᠣᠭᠠᠷ᠂ ᠪᠢᠳᠡ ᠥᠪᠡᠷᠲᠡᠭᠡᠨ ᠵᠠᠰᠠᠬᠤ ᠣᠷᠣᠨ ᠤ︿ᠭᠤᠷᠪᠠᠨ 10﹀ᠢᠢ ᠡᠭᠦᠳᠦᠨ ᠪᠠᠶᠢᠭᠤᠯᠬᠤ ᠢᠨᠵᠧᠨᠧᠷᠢᠩ ᠢ ᠢᠳᠡᠪᠬᠢᠲᠡᠶ ᠨᠠᠶᠢᠳᠠᠪᠤᠷᠢᠵᠢᠭᠤᠯᠵᠠᠢ᠃
ᠬᠣᠶᠠᠷ ᠵᠢᠯ ᠦᠨ ᠬᠤᠭᠤᠴᠠᠭᠠᠨ ᠳ᠋ᠤ ᠪᠦᠬᠦ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠦᠨ ᠪᠠᠶᠢᠭᠠᠯᠢ ᠵᠢᠨ ᠠᠶᠢᠯ ᠲᠣᠰᠬᠣᠨ ᠳ᠋ᠤ ᠬᠥᠳᠡᠯᠦᠩᠬᠦᠢ ᠪᠠᠶᠢᠳᠠᠯ ᠢ ᠬᠢᠨᠠᠨ ᠬᠡᠮᠵᠢᠬᠦ ᠲᠥᠬᠥᠭᠡᠷᠦᠮᠵᠢ ᠤᠭᠰᠠᠷᠠᠬᠤ ᠢᠢ ᠪᠡᠶᠡᠯᠡᠭᠦᠯᠬᠦ ᠪᠡᠷ ᠲᠥᠯᠥᠪᠯᠡᠵᠦ᠂ ᠡᠨᠡ ᠵᠢᠯ 116 ᠬᠥᠳᠡᠯᠦᠩᠭᠦᠶ ᠬᠢᠨᠠᠨ ᠬᠡᠮᠵᠢᠬᠦ ᠲᠥᠬᠥᠭᠡᠷᠦᠮᠵᠢ ᠤᠭᠰᠠᠷᠠᠵᠤ᠂ ᠦᠯᠡᠳᠡᠭᠰᠡᠨ ᠢ ᠨᠢ 2025 ᠣᠨ ᠠᠴᠠ ᠡᠮᠦᠨ᠎ᠡ ᠪᠦᠬᠦᠨ ᠢ ᠤᠭᠰᠠᠷᠠᠵᠤ ᠲᠠᠭᠤᠰᠬᠠᠬᠤ ᠪᠡᠷ ᠲᠦᠯᠦᠪᠯᠡᠵᠤ ᠪᠠᠶᠢᠨ᠎ᠠ︾ᠭᠡᠵᠤ ᠲᠠᠨᠢᠯᠴᠠᠭᠤᠯᠵᠠᠢ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ︽ᠭᠤᠷᠪᠠᠨ 10︾ᠵᠢ ᠡᠭᠦᠳᠦᠨ ᠪᠠᠶᠢᠭᠤᠯᠬᠤ ᠢᠨᠵᠧᠨᠧᠷᠢᠩ ᠪᠤᠯ ᠭᠤᠤᠯᠳᠠᠭᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠢᠨᠵᠧᠨᠧᠷᠢᠩ ᠳᠦ ᠬᠥᠳᠡᠯᠦᠩᠭᠦᠶ ᠬᠢᠨᠠᠨ ᠬᠡᠮᠵᠢᠬᠦ ᠰᠢᠰᠲ᠋ᠧᠮ ᠤᠭᠰᠠᠷᠠᠬᠤ ᠪᠡᠷ ᠲᠠᠮᠵᠢᠨ ᠤᠰᠤᠨ ᠤ ᠬᠡᠮᠵᠢᠶ᠎ᠡ᠂ ᠤᠰᠤᠨ ᠤ ᠳᠠᠷᠤᠯᠲᠠ ᠢᠢ ᠬᠡᠮᠵᠢᠬᠦ ᠵᠢ ᠵᠢᠭᠠᠵᠤ᠂ ᠨᠢᠬᠡ ᠭᠠᠵᠠᠷ ᠤᠨ ᠲᠦᠬᠦᠭᠡᠷᠦᠮᠵᠢ ᠵᠢ ᠤᠭᠰᠠᠷᠠᠵᠤ ᠪᠠᠷᠠᠭᠰᠠᠨ ᠤ ᠲᠣᠭ᠎ᠠ ᠪᠠᠷᠢᠮᠲᠠ ᠢᠢ ᠥᠪᠡᠷᠲᠡᠭᠡᠨ ᠵᠠᠰᠠᠬᠤ ᠣᠷᠣᠨ ᠪᠠ ᠠᠸᠬᠠᠨ ᠬᠣᠰᠢᠭᠤᠨ ᠤ ᠬᠢᠨᠠᠨ ᠬᠡᠮᠵᠢᠬᠦ ᠰᠢᠰᠲ᠋ᠧᠮ ᠳᠦ ᠲᠠᠮᠵᠢᠭᠤᠯᠤᠨ᠎ᠠ᠃
ᠪᠥᠬᠥ ᠬᠣᠰᠢᠭᠤ ᠤᠳᠤ ᠨᠢᠭᠡᠨᠳᠡ 86 ᠲᠦᠬᠦᠬᠡᠷᠦᠮᠵᠢ ᠤᠭᠰᠠᠷᠠᠵᠤ᠂ ᠰᠢᠰᠲ᠋ᠧᠮ ᠢ ᠠᠵᠢᠯᠯᠠᠭᠤᠯᠤᠭᠰᠠᠨ ᠤ ᠳᠠᠷᠠᠭ᠎ᠠ ᠤᠰᠤ ᠬᠠᠩᠭᠠᠬᠤ ᠢᠨᠵᠧᠨᠧᠷᠢᠩ ᠢ 24 ᠴᠠᠭ ᠢᠶᠠᠷ ᠬᠢᠨᠠᠨ ᠬᠡᠮᠵᠢᠵᠦ᠂ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠪᠤᠯᠤᠨ᠎ᠠ᠃ ᠤᠰᠤ ᠬᠠᠩᠭᠠᠬᠤ ᠢᠨᠵᠧᠨᠧᠷᠢᠩ ᠢ ᠥᠭᠡᠷᠡᠴᠢᠯᠡᠨ ᠲᠠᠰ ᠳᠡᠪᠰᠢᠭᠦᠯᠦᠭ᠍ᠰᠡᠨ ᠨᠢ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠲᠤᠶᠢᠯ ᠤᠨ ᠶᠡᠬᠡ ᠲᠥᠬᠥᠮ ᠦᠵᠡᠭᠦᠯᠵᠦ᠂ ᠬᠥᠳᠡᠭᠡ ᠲᠣᠰᠬᠣᠨ ᠢ ᠬᠥᠭ᠍ᠵᠢᠭᠦᠯᠦᠨ ᠮᠠᠨᠳᠤᠭᠤᠯᠬᠤ ᠳᠤ ᠴᠢᠨᠠᠷ ᠰᠠᠶᠢᠲᠠᠶ ᠤᠰᠤᠨ ᠠᠰᠢᠭᠯᠠᠯᠲᠠ ᠢᠢᠨ ᠦᠢᠯᠡᠴᠢᠯᠡᠭᠡ ᠬᠠᠩᠭᠠᠭᠰᠠᠨ ᠶᠠᠪᠤᠳᠠᠯ ᠪᠤᠯᠤᠨ᠎ᠠ᠃ ︵ᠵᠠᠩ ᠰᠢᠶᠤᠤ ᠲᠢᠶᠠᠨ︶
